ᠬᠤ᠋ ᠴᠢᠶᠠᠩ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/19
   5 ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠣᠶ ᠰᠢᠭᠤᠶ ᠶᠢᠨ ᠬᠠᠪᠤᠷ᠂ ᠵᠢᠶᠠᠩᠨᠠᠨ ᠤ ᠸᠧᠨ ᠱᠤ᠋ ᠶᠤᠸᠠᠨ ᠤ ᠲᠥᠷᠥᠯ ᠵᠦᠶᠯ ᠤᠨ ᠠᠬᠤᠶ ᠲᠠᠯᠠᠪᠠᠶ ᠵᠢᠴᠢ ᠴᠠᠭᠠᠨ ᠬᠤᠳᠠ ᠳᠥᠷᠪᠡᠳᠦᠭᠡᠷ ᠲᠣᠰᠬᠤᠨ᠂ ᠴᠠᠭᠠᠨ ᠬᠤᠳᠠ ᠲᠠᠪᠤᠳᠤᠭᠠᠷ ᠲᠣᠰᠬᠤᠨ᠂ ᠤᠯᠠᠯᠵᠢ ᠬᠤᠶᠠᠳᠤᠭᠠᠷ ᠲᠣᠰᠬᠤᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠦ᠂ ᠲᠥᠪ ᠠᠴᠠ ᠬᠤᠲᠠ ᠶᠢ ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠬᠤᠲᠠ ᠶᠢᠨ ᠣᠷᠣᠨ ᠵᠠᠶ᠂ ᠠᠵᠤ ᠦᠶᠯᠡᠰ ᠤᠨ ᠬᠥᠭᠵᠢᠯᠲᠡ᠂ ᠣᠷᠣᠨ ᠪᠦᠰᠡ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠵᠤ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠤᠨ ᠲᠦᠷᠦ ᠶᠢᠨ ᠪᠤᠳᠤᠯᠭ᠎ᠠ ᠶᠢ ᠲᠠᠮᠡᠴᠠᠨ ᠣᠯᠵᠤ᠂ ᠨᠢᠭᠡ ᠪᠦᠯᠦᠭ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠰᠣᠳᠣᠨ ᠢᠨᠵᠧᠨᠧᠷᠢᠩ ᠢ ᠲᠦᠷᠭᠡᠳᠬᠡᠨ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠶ᠃ ᠬᠤᠳᠠ ᠶᠢᠨ ᠤᠶᠢᠷ᠎ᠠ ᠲᠡᠭᠦᠷᠭᠡ ᠶᠢᠨ ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠬᠢ ᠪᠠᠶᠠᠯᠢᠭ ᠤᠨ ᠣᠨᠴᠠᠯᠢᠭ ᠲᠠᠢ ᠤᠶᠠᠯᠳᠤᠭᠤᠯᠵᠤ᠂ ᠰᠤᠯᠠ ᠲᠠᠯᠪᠢᠭᠳᠠᠵᠤ ᠪᠠᠶᠢᠭ᠎ᠠ ᠡᠳ᠋ ᠬᠦᠷᠦᠩᠭᠡ᠂ ᠡᠬᠢ ᠪᠠᠶᠠᠯᠢᠭ ᠢ ᠲᠦᠷᠭᠡᠨ ᠠᠮᠢᠯᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠲᠠᠰᠤᠷᠠᠯᠳᠠ ᠦᠭᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠥᠷᠭᠡᠨ ᠤᠯᠠᠨ ᠬᠤᠳᠠ ᠶᠢᠨ ᠠᠷᠠᠳ ᠤᠨ ᠬᠡᠷᠡᠭᠴᠡᠭᠡ ᠳᠤ ᠨᠡᠶᠢᠴᠡᠭᠰᠡᠨ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠨᠡᠩ ᠤᠯᠠᠨ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠲᠤᠭᠤᠷᠢᠭ ᠤᠨ ᠤᠳᠤᠷᠢᠳᠤᠯᠭ᠎ᠠ ᠸᠠᠩ ᠸᠧᠶ᠂ ᠰᠤ᠋ ᠵᠢᠶᠦ᠋ᠨ᠂ ᠸᠧᠨ ᠵᠧᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠵᠤᠤ ᠶᠢᠨ ᠹᠧᠩ᠂ ᠰᠢᠶᠤᠤ ᠯᠢ ᠶᠢᠩ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号