ᠪᠦᠬᠦ ᠲᠤᠭᠤᠷᠢᠭ ᠤᠨ ︽ᠱᠤᠭᠤᠬᠤ ᠲᠡᠭᠡᠭᠰᠢᠯᠡᠬᠦᠯᠬᠦ ᠲᠡᠮᠡᠴᠡᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠠᠵᠢᠯ ᠢ ᠠᠬᠢᠭᠤᠯᠬᠤ ᠬᠤᠷᠠᠯ ᠵᠢᠴᠢ ᠲᠦᠷᠦᠬᠦᠦ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠵᠠᠳᠠᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/2
    4 ᠰᠠᠷ᠎ᠠ ᠶᠢᠨ 30 ᠤ ᠡᠳᠦᠷ᠂ ᠪᠥᠬᠦ ᠲᠤᠭᠤᠷᠢᠭ ᠤᠨ ︽ᠱᠤᠭᠤᠬᠤ ᠲᠡᠭᠡᠭᠰᠢᠯᠡᠬᠦᠯᠬᠦ ᠲᠡᠮᠡᠴᠡᠬᠦ︾ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠠᠵᠢᠯ ᠢ ᠠᠬᠢᠭᠤᠯᠬᠤ ᠬᠤᠷᠠᠯ ᠵᠢᠴᠢ ᠲᠦᠷᠦᠬᠦᠦ ᠤᠯᠠᠷᠢᠯ ᠤᠨ ᠠᠵᠤ ᠠᠬᠤᠶ ᠶᠢᠨ ᠡᠷᠬᠢᠯᠳᠡ ᠶᠢᠨ ᠵᠠᠳᠠᠯᠤᠯᠲᠠ ᠶᠢᠨ ᠬᠤᠷᠠᠯ ᠬᠤᠷᠠᠯᠳᠤᠵᠤ᠂ 4 ᠰᠠᠷ᠎ᠠ ᠶᠢᠨ 25 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠪᠣᠯᠤᠨ ᠪᠥᠬᠦ ᠬᠤᠲᠠ ᠶᠢᠨ ᠲᠦᠷᠦᠬᠦᠦ ᠤᠯᠠᠷᠢᠯ ᠤᠨ ᠠᠵᠤ ᠠᠬᠤᠶ ᠶᠢᠨ  ᠡᠷᠬᠢᠯᠳᠡ ᠶᠢᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠲᠦᠷᠦᠬᠦᠦ ᠤᠯᠠᠷᠢᠯ ᠤᠨ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠢ ᠮᠡᠳᠡᠭᠳᠡᠵᠦ᠂ ᠬᠤᠶᠠᠳᠤᠭᠠᠷ ᠤᠯᠠᠷᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤ᠋ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠳᠡᠭᠡᠷ᠎ᠡ᠂ ᠸᠠᠩ ᠭᠠᠩ᠂ ᠸᠠᠩ ᠸᠧᠢ᠂ ᠾᠧ ᠰᠢᠨ᠂ ᠦ᠋ ᠱᠧᠨ ᠮᠦᠸᠧ᠂ ᠸᠠᠩ ᠰᠢᠤ ᠵᠢᠤᠸᠠᠨ᠂ ᠯᠢ ᠬᠤᠩ ᠢᠦᠢ᠂ ᠸᠧᠨ ᠵᠧᠨ᠂ ᠵᠠᠩ ᠢᠦᠢ᠂ ᠵᠧᠦ ᠬᠠᠢ ᠹᠸᠢ ᠵᠡᠷᠭᠡ ᠲᠤᠭᠤᠷᠢᠭ ᠤᠨ ᠤᠳᠤᠷᠢᠳᠤᠯᠭ᠎ᠠ᠂     ᠲᠤᠭᠤᠷᠢᠭ ᠤᠨ ᠰᠢᠭᠤᠳ ᠬᠠᠷᠢᠶ᠎ᠠ 7 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠳᠣᠬᠠᠨ ᠤ ᠠᠵᠤ ᠠᠬᠤᠢ ᠶᠢᠨ ᠠᠵᠢᠯ ᠢ ︽ᠶᠠᠭᠠᠬᠢᠵᠤ ᠬᠢᠬᠦ︾ ᠶᠢᠨ ᠲᠣᠭᠤᠷᠢᠨ ᠳᠤ  ᠪᠤᠳᠤᠯ ᠰᠠᠨᠠᠯ ᠢᠶᠠᠨ ᠰᠤᠯᠢᠯᠴᠠᠪᠠ᠃      ᠬᠤ᠋ ᠴᠢᠶᠠᠩ᠂ ᠦᠵᠡᠯ ᠰᠠᠨᠠᠭ᠎ᠠ ᠪᠠᠨ ᠨᠢᠭᠡᠳᠬᠡᠵᠦ᠂ ᠠᠰᠠᠭᠤᠳᠠᠯ ᠳᠤ ᠰᠢᠭᠤᠳ ᠬᠠᠨᠳᠤᠵᠤ᠂ ᠠᠵᠢᠯ ᠤᠨ ᠰᠤᠷᠲᠠᠯ ᠢᠶᠠᠨ ᠳᠠᠷᠤᠢ ᠲᠦᠷᠭᠡᠨ ᠬᠤᠪᠢᠷᠠᠭᠤᠯᠵᠤ᠂ ︽ᠴᠠᠭ ᠮᠦᠴᠡ ᠪᠢᠳᠡᠨ ᠢ ᠬᠦᠯᠢᠶᠡᠬᠦ ᠦᠭᠡᠢ᠂ ᠡᠷᠡᠮᠡᠬᠡᠶᠢᠯᠡᠨ ᠲᠡᠮᠡᠴᠡᠵᠦ ᠨᠡᠬᠡᠵᠤ ᠬᠦᠢᠴᠡᠬᠦ︾ ᠲᠤᠯᠭᠠᠮ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠪᠦᠬᠦ ᠲᠠᠯ᠎ᠠ ᠪᠠᠷ ᠴᠢᠩᠭᠠᠳᠬᠠᠵᠤ᠂ ᠬᠠᠷᠠᠯᠲᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ᠂ ᠬᠡᠷᠡᠭᠯᠡᠭᠡ ᠶᠢ ᠬᠥᠭᠵᠢᠭᠡᠬᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ︽ᠭᠤᠷᠪᠠ ᠶᠢ ᠲᠡᠮᠡᠴᠡᠨ ᠤᠯᠬᠤ︾ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠶᠠᠳᠤᠭᠠᠷ ᠤᠯᠠᠷᠢᠯ ᠳᠤ ᠴᠢᠷᠮᠠᠶᠢᠨ ᠲᠡᠮᠡᠴᠡᠵᠤ ᠰᠢᠪᠳᠤᠯᠤᠯᠳᠠ ᠬᠢᠬᠦ ᠬᠡᠷᠡᠭᠲᠡᠢ᠃ ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ ᠶᠢ ᠪᠣᠶ ᠪᠣᠯᠭᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠦᠨ᠂ ᠲᠡᠷᠢᠭᠦᠨ ᠵᠡᠷᠬᠡ ᠶᠢᠨ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠴᠦ᠂ ᠳᠠᠷᠦ᠋ᠢᠬᠠᠨ ᠭᠦᠶᠴᠡᠳᠬᠡᠬᠦ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠣᠪᠣᠷ ᠪᠠᠶᠢᠳᠠᠯ ᠢᠶᠠᠷ ᠴᠠᠭ ᠢ ᠠᠮᠵᠢᠨ ᠬᠥᠭᠵᠢᠯᠲᠡ ᠶᠢ ᠠᠬᠢᠭᠤᠯᠵᠤ᠂ ᠶᠠᠮᠠᠷ ᠴᠤ ᠠᠯᠳᠠᠬᠳᠠᠯ ᠭᠠᠷᠭᠠᠬᠤ ᠦᠬᠡᠢ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠬᠡᠵᠤ ᠴᠢᠬᠤᠯᠠᠴᠢᠯᠠᠪᠠ᠃ ︵ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号