ᠬᠥᠨᠳᠡᠯᠡᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/3
    4 ᠰᠠᠷ᠎ᠠ ᠶᠢᠨ 30 ᠤ ᠡᠳᠦᠷ᠂ ᠬᠥᠨᠳᠡᠯᠡᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ︾ ᠤᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃
    ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷᠴᠤᠳ ᠤᠨ ᠠᠷᠢᠭᠤᠨ ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠲᠣᠭᠲᠠᠭᠠᠯ︾᠂ ᠥᠪᠡᠷᠲᠡᠭᠡᠨ ᠵᠠᠰᠠᠬᠤ ᠣᠷᠣᠨ ᠤ ︽ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︿ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ﹀ ᠤᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠥᠰᠦᠯ︾᠂ ᠪᠤᠭᠤᠲᠤ ᠬᠤᠲᠠ ᠶᠢᠨ ︽ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ ᠶᠢᠨ ᠠᠷᠭ᠎ᠠ︾ ᠶᠢ ᠤᠯᠠᠮᠵᠢᠯᠠᠨ ᠰᠤᠷᠤᠯᠴᠠᠵᠤ᠂ ᠬᠥᠨᠳᠡᠯᠡᠨ ᠲᠣᠭᠤᠷᠢᠭ ᠤᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠳᠡᠭᠡᠷ᠎ᠡ᠂ ᠪᠤᠭᠤᠲᠤ ᠬᠤᠲᠠ ᠶᠢᠨ ᠬᠦᠳᠡᠭᠡ ᠲᠤᠰᠬᠤᠨ ᠤ ᠠᠵᠤ ᠠᠬᠤᠢ ᠶᠢᠨ ᠡᠵᠡᠩᠨᠡᠯᠲᠡ ᠬᠠᠮᠢᠶᠠᠷᠤᠯᠲᠠ ᠶᠢᠨ ᠥᠷᠲᠡᠭᠡ ᠶᠢᠨ ᠭᠤᠤ ᠰᠢᠨ ᠶᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ︾ ᠳᠤ ᠴᠢᠭᠯᠡᠭᠦᠯᠦᠨ᠂ ᠪᠦᠷᠢᠯᠳᠦᠬᠦᠨ᠂ ᠵᠣᠬᠢᠶᠠᠨ ᠪᠠᠶᠢᠭᠤᠯᠤᠯᠲᠠ ᠶᠢᠨ ᠳᠡᠩᠰᠡᠯᠡᠯᠲᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠪᠠ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠲᠡᠳᠬᠦᠨ ᠳᠡᠮᠵᠢᠬᠦ ᠠᠷᠭ᠎ᠠ ᠬᠡᠮᠵᠢᠶ᠎ᠡ᠂ ᠮᠠᠷᠭᠤᠯᠳᠤᠭᠠᠨ ᠢ ᠰᠢᠶᠳᠪᠦᠷᠢᠯᠡᠬᠦ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠪᠥᠬᠦ ᠲᠠᠯ᠎ᠠ ᠪᠠᠷ ᠭᠦᠨᠵᠡᠭᠡᠶ ᠲᠠᠶᠢᠯᠤᠮᠵᠢ ᠬᠢᠵᠦ᠂ ᠥᠪᠥᠷ ᠮᠣᠩᠭᠤᠯ ᠤᠨ ᠺᠧ ᠰᠢᠨ ᠳ᠋ᠧ ᠡᠳ᠋ ᠤᠨ ᠶᠠᠪᠤᠳᠠᠯ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢᠨ ᠯᠢᠦᠶ ᠯᠢᠶᠠᠩ ᠴᠧᠩ ᠠᠴᠠ ᠣᠯᠠᠨ ᠳᠤ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢ ᠪᠣᠳᠠᠲᠠᠶ ᠶᠠᠪᠤᠭᠳᠠᠭᠤᠯᠬᠤ ᠭᠤᠤᠯᠳᠠᠯᠭ᠎ᠠ ᠲᠠᠢ ᠵᠦᠢᠯ ᠢ ᠲᠠᠶᠢᠯᠪᠤᠷᠢᠯᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠠᠰᠠᠭᠤᠯᠲᠠ ᠶᠢ ᠬᠠᠷᠢᠭᠤᠯᠵᠤ ᠲᠥᠭᠡᠷᠢᠭᠳᠡᠯ ᠢ ᠨᠢ  ᠰᠢᠢᠳᠪᠦᠷᠢᠯᠡᠪᠡ᠃     ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ᠂ ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠤᠨ ᠠᠭᠤᠯᠭ᠎ᠠ ᠨᠢ ᠡᠯᠪᠡᠭ ᠪᠠᠶᠠᠯᠢᠭ᠂ ᠠᠮᠢᠳᠤᠯᠢᠭ ᠪᠥᠭᠡᠳ ᠭᠤᠶᠢᠳᠠ ᠰᠠᠶᠢᠬᠠᠨ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠴᠢᠨᠠᠷ ᠲᠠᠢ ᠪᠤᠯᠵᠠᠢ᠂ ᠣᠨᠣᠯ ᠠᠴᠠ ᠦᠶᠯᠡᠳᠦᠯᠭᠡ ᠳᠤ ᠬᠥᠷᠬᠦ ᠰᠤᠷᠤᠯᠴᠠᠯᠭ᠎ᠠ ᠨᠢ ᠬᠤᠯᠪᠣᠭᠳᠠᠯ ᠪᠥᠬᠦᠶ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠰᠡᠩᠬᠡᠷᠡᠭᠦᠯᠬᠦ ᠠᠴᠢ ᠬᠤᠯᠪᠣᠭᠳᠠᠯ ᠲᠠᠢ ᠶᠤᠮ   ᠬᠡᠵᠤ ᠢᠯᠡᠷᠬᠡᠶᠢᠯᠡᠵᠡᠬᠡᠪᠡ᠃     ᠬᠥᠨᠳᠡᠯᠡᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶᠠᠨ ᠤ ᠳᠡᠳ᠋ ᠳᠠᠷᠤᠭ᠎ᠠ ᠶᠠᠨ ᠫᠧᠩ ᠵᠢᠶᠤᠤ᠄ ︽ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠢᠶᠠᠷ     ᠳᠠᠮᠵᠢᠨ᠂ ᠪᠢᠳᠡ ᠬᠠᠤᠯᠢ ᠲᠣᠭᠲᠠᠭᠠᠯ ᠤᠨ ᠭᠤᠤᠯᠳᠠᠯᠭ᠎ᠠ ᠪᠠ ᠮᠡᠳᠡᠭᠡ ᠵᠠᠩᠭᠢᠵᠢᠯᠲᠠ ᠶᠢᠨ ᠶᠠᠪᠤᠭᠳᠠᠭᠤᠯᠬᠤ ᠶᠠᠪᠤᠴᠠ ᠶᠢ ᠰᠢᠰᠲ᠋ᠧᠮ ᠲᠠᠢ ᠰᠤᠷᠤᠯᠴᠠᠵᠤ᠂ ᠦᠩᠬᠡᠷᠡᠭᠰᠡᠨ ᠳᠤ ᠮᠡᠳᠡᠬᠦ ᠦᠬᠡᠢ ᠪᠠᠶᠢᠬᠰᠠᠨ ᠮᠡᠳᠡᠯᠭᠡ ᠶᠢ ᠨᠥᠬᠦᠪᠥᠷᠢᠯᠡᠭᠰᠡᠨ ᠪᠥᠭᠡᠳ ᠵᠢᠷᠤᠮᠵᠢᠭᠰᠠᠨ ᠬᠠᠮᠢᠶᠠᠷᠤᠯᠲᠠ ᠶᠢᠨ ᠬᠠᠮᠲᠤ ᠶᠢᠨ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠴᠢᠨᠠᠷ ᠢ ᠴᠤ ᠲᠠᠨᠢᠵᠤ ᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢ ᠰᠣᠷᠣᠭᠰᠠᠨ ᠮᠡᠳᠡᠯᠭᠡ ᠪᠠᠨ ᠦᠷᠭᠦᠯᠵᠢᠯᠡᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ︿ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ﹀ ᠤᠨ ᠬᠠᠮᠢᠶᠠᠷᠤᠯᠲᠠ ᠶᠢᠨ ᠲᠦᠷᠢᠮ ᠢ ᠬᠠᠪᠰᠤᠷᠤᠨ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠣᠳᠠᠲᠠᠶᠢᠵᠢᠭᠤᠯᠤᠨ ᠬᠡᠷᠡᠭᠯᠡᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠪᠠᠯᠭᠠᠰᠤ ᠲᠣᠰᠬᠤᠨ ᠬᠤᠶᠠᠷ ᠱᠠᠲᠤᠨ ᠤ ᠬᠥᠮᠦᠰ ᠲᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠬᠦ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︿ᠪᠠᠯᠠ ᠮᠥᠩᠭᠦ ᠡᠳ᠋ ᠬᠥᠷᠥᠩᠭᠡ ᠡᠬᠢ ᠪᠠᠶᠠᠯᠢᠭ﹀ ᠤᠨ ᠵᠢᠷᠤᠮᠵᠢᠭᠰᠠᠨ ᠠᠵᠢᠯᠯᠠᠭᠠᠨ ᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ︾ ᠬᠡᠵᠡᠢ᠃ ︵   ᠰᠤᠷᠪᠤᠯᠵᠢᠯᠠᠭᠴᠢ᠄ ᠹᠠᠨ ᠷᠦᠢ ᠴᠢᠩ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号