ᠬᠥᠨᠳᠡᠯᠡᠨ ᠲᠣᠭᠤᠷᠢᠭ ︽5·1︾ ᠤ ᠪᠠᠶᠠᠷ ᠤᠨ ᠡᠳᠦᠷ ᠠᠴᠠ ᠡᠮᠦᠨᠡᠬᠢ ᠡᠮ ᠤᠨ ᠵᠦᠢᠯ ᠡᠮᠴᠢᠯᠡᠬᠡᠨ  ᠤᠨ ᠮᠠᠰᠢᠨ ᠪᠠᠭᠠᠵᠢ ᠭᠤᠶᠤᠯᠠᠯ ᠤᠨ ᠡᠳ᠋ ᠤᠨ ᠬᠦᠷᠢᠶᠡᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/6
     4 ᠰᠠᠷ᠎ᠠ ᠶᠢᠨ 21 ᠤ ᠡᠳᠦᠷ ᠠᠴᠠ 4 ᠰᠠᠷ᠎ᠠ ᠶᠢᠨ 29 ᠤ ᠡᠳᠦᠷ ᠪᠣᠯᠲᠠᠯ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠨᠢᠭᠡ ᠭᠠᠷᠠᠭ ᠤᠨ ᠬᠤᠭᠤᠴᠠᠭ᠎ᠠ ᠲᠠᠢ ᠡᠮ ᠤᠨ ᠵᠤᠶᠢᠯ ᠡᠮᠴᠢᠯᠡᠬᠡᠨ ᠤ ᠪᠠᠭᠠᠵᠢ ᠬᠡᠷᠡᠭᠰᠡᠯ ᠭᠤᠶᠤᠯᠠᠯ ᠤᠨ ᠡᠳ᠋ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠬᠤᠳᠠᠯᠳᠤᠭᠠᠨ ᠤ ᠵᠡᠭᠡᠯᠢ ᠶᠢᠨ ᠲᠣᠭᠤᠷᠢᠭ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠣᠷᠣᠨ ᠪᠦᠰᠡ ᠳᠤ ᠴᠢᠭᠯᠡᠭᠦᠯᠦᠨ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠡᠮᠴᠢᠯᠡᠭᠡᠨ ᠤ ᠪᠠᠶᠢᠭᠤᠯᠤᠮᠵᠢ᠂ ᠵᠢᠰᠦ ᠭᠤᠶᠣᠯᠠᠬᠤ ᠪᠠᠶᠢᠭᠤᠯᠤᠮᠵᠢ ᠵᠡᠷᠭᠡ ᠡᠵᠡᠩᠨᠡᠯᠲᠡ ᠶᠢᠨ ᠭᠤᠤᠯ ᠴᠣᠭᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠮ ᠤᠨ ᠵᠤᠶᠢᠯ ᠡᠮᠴᠢᠯᠡᠬᠡᠨ ᠤ ᠪᠠᠭᠠᠵᠢ ᠬᠡᠷᠡᠭᠰᠡᠯ ᠭᠤᠶᠤᠯᠠᠯ ᠤᠨ ᠡᠳ᠋ ᠤᠨ ᠬᠦᠷᠢᠶᠡᠨ ᠳᠠᠬᠢ  ᠲᠤᠰᠬᠠᠢ ᠠᠵᠢᠯ ᠡᠷᠭᠢᠯᠡᠬᠦ ᠡᠮ ᠨᠠᠶᠢᠷᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠭᠰᠡᠨ ᠪᠠᠶᠢᠳᠠᠯ᠂ ᠡᠮ ᠤᠨ ᠵᠦᠢᠯ ᠬᠤᠳᠠᠯᠳᠤᠨ     ᠠᠪᠬᠤ ᠪᠠ ᠪᠣᠷᠣᠯᠠᠭᠤᠯᠬᠤ ᠠᠷᠭ᠎ᠠ ᠵᠠᠮ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠦᠷᠢᠶᠡᠨ ᠳᠠᠬᠢ ᠪᠠᠺᠲ᠋ᠧᠷᠢ ᠥᠬᠡᠶ ᠪᠠᠷ ᠬᠡᠷᠡᠭᠯᠡᠬᠦ ᠲᠥᠷᠥᠯ ᠵᠡᠷᠭᠡ ᠪᠣᠷᠣᠯᠠᠭᠤᠯᠭ᠎ᠠ ᠰᠠᠶᠢᠲᠠᠶ ᠦᠶᠯᠡᠳᠬᠦᠨ᠂ ᠭᠤᠶᠤᠯᠠᠯ ᠤᠨ ᠡᠳ᠋ ᠤᠨ ᠬᠦᠷᠢᠶᠡᠨ ᠳᠠᠬᠢ ᠬᠡᠦᠬᠡᠳ ᠵᠢᠴᠢ ᠣᠨᠴᠠᠭᠠᠶ ᠲᠥᠷᠥᠯ ᠤᠨ ᠦᠶᠯᠡᠳᠬᠦᠨ ᠤ ᠬᠠᠤᠯᠢ ᠶᠣᠰᠣᠴᠢ ᠴᠢᠨᠠᠷ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠪᠠ᠃ ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ 96 ᠬᠥᠮᠦᠨ ᠤᠳᠠᠭ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠢ ᠲᠤᠮᠢᠯᠠᠵᠤ᠂ ᠡᠮ ᠤᠨ ᠵᠤᠶᠢᠯ ᠡᠮᠴᠢᠯᠡᠬᠡᠨ ᠤ ᠪᠠᠭᠠᠵᠢ ᠬᠡᠷᠡᠭᠰᠡᠯ ᠭᠤᠶᠤᠯᠠᠯ ᠤᠨ ᠡᠳ᠋ ᠤᠨ ᠡᠵᠡᠩᠨᠡᠯᠳᠡ ᠶᠢᠨ 43 ᠨᠢᠭᠡᠴᠢ ᠶᠢ ᠪᠠᠶᠢᠴᠠᠭᠠᠵᠤ᠂ 5 ᠠᠰᠠᠭᠤᠳᠠᠯ᠂ 1 ᠬᠡᠷᠡᠭ ᠤᠨ ᠰᠦᠪᠡᠭᠴᠢ ᠶᠢ ᠢᠯᠡᠷᠡᠭᠦᠯᠵᠦ᠂ ᠨᠢᠭᠡᠨᠲᠡ ᠬᠤᠯᠪᠣᠭᠳᠠᠯ ᠪᠥᠬᠦᠶ ᠨᠢᠭᠡᠴᠢ ᠶᠢ ᠵᠠᠷᠯᠢᠭᠳᠠᠨ ᠴᠡᠭᠴᠡᠯᠡᠨ ᠥᠭᠡᠷᠡᠴᠢᠯᠡᠭᠦᠯᠪᠡ᠃ ︵ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号