ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠨᠳᠦᠰᠦᠨ ᠱᠠᠲᠤᠨ ᠤ ᠵᠠᠰᠠᠯᠲᠠ ᠦᠷ᠎ᠡ ᠪᠦᠲᠦᠮᠵᠢ ᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2025/5/7
     ᠨᠢᠭᠡ ᠳᠤ᠂ ᠬᠠᠮᠲᠤᠷᠠᠯ ᠬᠦᠴᠦᠨ ᠢ ᠲᠥᠪᠯᠡᠷᠡᠭᠦᠯᠵᠦ᠂ ᠬᠤᠯᠪᠣᠭᠠᠯᠠᠨ ᠬᠦᠳᠡᠯᠦᠯᠴᠡᠵᠤ ᠬᠠᠮᠲᠤᠪᠠᠷ ᠪᠠᠶᠢᠭᠤᠯᠵᠤ ᠠᠷᠠᠳ ᠤᠨ ᠠᠮᠢᠳᠦᠷᠠᠯ ᠳᠤ ᠠᠰᠢᠭ ᠬᠦᠷᠳᠡᠬᠡᠪᠡ᠃ ᠤᠨᠴᠠᠯᠢᠭᠲᠤ ᠬᠢᠴᠢᠶᠡᠯ ᠤᠨ ᠲᠠᠩᠬᠢᠮ ᠢ ᠡᠭᠦᠳᠦᠨ ᠪᠠᠶᠢᠭᠤᠯᠵᠤ᠂ ︽ᠰᠦᠯᠵᠢᠶᠡᠨ ᠳᠡᠭᠡᠷᠡᠬᠢ ᠬᠢᠴᠢᠶᠡᠯ ᠤᠨ ᠲᠠᠩᠬᠢᠮ︾᠂ ︽ᠨᠠᠷᠠᠲᠤ ᠬᠥᠮᠦᠰ ᠤᠨ ᠬᠢᠴᠢᠶᠡᠯ ᠤᠨ ᠲᠠᠩᠬᠢᠮ︾ ᠵᠡᠷᠭᠡ ᠣᠯᠠᠨ ᠡᠰᠢᠲᠦ ᠲᠠᠪᠴᠠᠩ ᠢᠶᠠᠷ ᠳᠠᠮᠵᠢᠨ᠂ ᠨᠡᠶᠢᠲᠡ 40 ᠭᠠᠷᠤᠶ ᠲᠠᠯᠠᠪᠠᠶ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ 20 ᠭᠠᠷᠤᠶ ᠤᠳᠠᠭ᠎ᠠ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ    ᠠᠵᠢᠯᠯᠠᠭ᠎ᠠ ᠶᠢ ᠦᠷᠨᠢᠬᠦᠯᠵᠤ᠂ 1000 ᠬᠥᠮᠦᠨ ᠤᠳᠠᠭ᠎ᠠ ᠶᠢᠨ ᠣᠯᠠᠨ ᠲᠦᠮᠡᠨ ᠢ  ᠬᠠᠮᠤᠷᠪᠠ︔  ᠬᠤᠯᠪᠤᠭᠠᠯᠠᠨ ᠬᠦᠳᠡᠯᠦᠯᠴᠡᠵᠤ ᠬᠠᠮᠲᠤ ᠪᠠᠷ ᠪᠠᠶᠢᠭᠤᠯᠬᠤ ᠪᠠᠶᠢᠭᠤᠯᠭ᠎ᠠ ᠨᠢᠭᠡᠴᠢ ︽ᠭᠡᠭᠡᠨ ᠰᠠᠷᠠᠭᠤᠯ ᠠᠰᠠᠷ ᠤᠨ ᠭᠤᠳᠤᠮᠵᠢ︾ ᠵᠡᠷᠭᠡ ᠠᠵᠢᠯᠯᠠᠭ᠎ᠠ ᠶᠢ ᠠᠬᠢᠭᠤᠯᠵᠤ᠂ ᠠᠰᠠᠷ ᠤᠨ ᠭᠤᠳᠤᠮᠵᠢ ᠤᠨ 17 ᠳ᠋ᠧᠩ ᠢ ᠰᠡᠯᠪᠢᠨ ᠵᠠᠰᠠᠵᠤ᠂ 200 ᠭᠠᠷᠤᠢ ᠵᠠᠷ ᠮᠡᠳᠡᠭᠡ ᠶᠢ ᠠᠷᠢᠯᠭᠠᠨ ᠴᠡᠪᠡᠷᠯᠡᠪᠡ᠃ ᠬᠤᠶᠠᠷ ᠲᠤ᠂ ᠤᠶᠤᠨ ᠤᠬᠠᠭᠠᠨ ᠢᠶᠠᠷ ᠬᠦᠴᠦᠨ ᠣᠯᠭᠤᠵᠤ᠂ ᠦᠢᠯᠡᠴᠢᠯᠡᠭᠡᠨ ᠤ ᠵᠠᠮ ᠢ ᠰᠢᠯᠤᠭᠤᠳᠬᠠᠪᠠ᠃ ᠤᠶᠤᠨᠲᠤ ᠬᠥᠨᠳᠡᠯᠡᠨ ᠲᠠᠪᠴᠠᠩ ᠳᠤ ᠲᠦᠰᠢᠭᠯᠡᠨ ᠤᠨᠢᠨ ᠲᠡᠭᠡᠷ᠎ᠡ ᠨᠢ ᠬᠠᠮᠢᠶᠠᠷᠬᠤ ᠶᠢ ᠪᠡᠶᠡᠯᠡᠭᠦᠯᠵᠦ᠂ ᠰᠦᠯᠵᠢᠶᠡᠨ ᠲᠡᠭᠡᠷ᠎ᠡ ᠬᠢᠴᠢᠶᠡᠯ ᠨᠡᠭᠡᠭᠡᠵᠤ 1 ᠲᠦᠮᠡ ᠭᠠᠷᠤᠶ ᠬᠥᠮᠦᠨ ᠳᠤ ᠠᠰᠢᠭ ᠬᠦᠷᠲᠡᠭᠡᠪᠡ︔ ᠰᠠᠭᠤᠭᠠᠯᠢ ᠠᠷᠠᠳ᠂ ᠬᠤᠳᠠᠯᠳᠤᠭᠠᠨ ᠤ ᠡᠷᠦᠬᠡ ᠶᠢ ᠲᠠᠶᠢᠴᠢᠯᠠᠨ ︽ᠨᠡᠭᠦᠳᠡᠯ ᠲᠣᠣᠷᠵᠢᠭᠤᠯᠤᠭᠰᠠᠨ ᠬᠠᠮᠢᠶᠠᠷᠤᠯᠳᠠ ᠶᠢᠨ ᠠᠵᠢᠯᠲᠠᠨ︾  ᠪᠤᠯᠭᠠᠵᠤ᠂ ︽ ᠠᠯᠠᠭᠠᠨ ᠲᠡᠭᠡᠷᠡᠬᠢ ᠭᠠᠷ ᠤᠨ ᠠᠶ᠎ᠠ ᠪᠠᠷ ᠰᠢᠩᠬᠡᠬᠡᠨ ᠰᠡᠭᠦᠳᠡᠷᠯᠡᠬᠦ︾ ᠪᠠᠷ ᠳᠠᠮᠵᠢᠭᠤᠯᠤᠨ᠂ ᠪᠥᠬᠦ ᠠᠷᠠᠳ ᠤᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠭᠤᠷᠪᠠ ᠳᠤ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ ᠦᠶᠯᠡᠴᠢᠯᠡᠭᠡᠨ ᠤ ᠵᠠᠭᠠᠭ ᠬᠢᠵᠠᠭᠠᠷ ᠢ ᠥᠷᠭᠡᠳᠬᠡᠪᠡ᠃ ︽ᠭᠠᠷᠴᠤ ᠶᠠᠪᠤᠬᠤ᠂ ᠤᠷᠢᠵᠤ ᠠᠪᠴᠢᠷᠠᠬᠤ︾ ᠬᠤᠤᠰ ᠬᠦᠷᠳᠦᠲᠦ ᠬᠥᠳᠡᠯᠭᠡᠭᠦᠷ ᠤᠨ ᠰᠢᠨ᠎ᠡ ᠵᠠᠭᠪᠤᠷ ᠢ ᠰᠦᠪᠡᠭᠴᠢᠯᠡᠵᠦ᠂ ᠰᠠᠭᠤᠭᠠᠯᠢ ᠠᠷᠠᠳ ᠤᠨ ᠬᠡᠷ᠂ ᠰᠤᠷᠭᠠᠭᠤᠯᠢ᠂ ᠬᠤᠳᠠᠯᠳᠤᠭᠠᠨ ᠤ ᠡᠷᠦᠬᠡ ᠵᠡᠷᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ 300 ᠭᠠᠷᠤᠶ ᠵᠤᠷᠪᠤᠰ ᠴᠤᠭᠯᠠᠭᠤᠯᠪᠠ︔ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ︽ᠪᠥᠬᠦ ᠨᠠᠰᠤ ᠵᠢᠯ ᠢ ᠬᠠᠮᠤᠷᠤᠭᠰᠠᠨ᠂ ᠣᠨᠢᠨ ᠳᠡᠭᠡᠷ᠎ᠡ ᠨᠢ ᠦᠶᠯᠡᠴᠢᠯᠡᠬᠦ︾ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠬᠦᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠴᠢᠶᠡᠯ ᠤᠨ ᠲᠠᠩᠬᠢᠮ ᠢ ᠨᠡᠭᠡᠭᠡᠵᠦ᠂ 2789 ᠨᠠᠰᠤᠨ ᠳᠤ ᠥᠯᠥ ᠭᠦᠷᠦᠭᠰᠡᠳ ᠤᠨ ᠬᠡᠷ ᠪᠦᠯᠢ ᠬᠡᠦᠬᠡᠳ  ᠬᠦᠮᠦᠵᠢᠬᠦᠯᠬᠦ ᠵᠢᠯᠣᠭᠤᠳᠣᠯᠭ᠎ᠠ ᠬᠦᠷᠳᠡᠪᠡ᠃ ᠳᠥᠷᠪᠡ ᠳᠤ᠂ ᠨᠠᠰᠤᠳᠠᠳ ᠢ ᠬᠠᠯᠠᠮᠵᠢᠯᠠᠵᠤ᠂ ᠪᠤᠭᠤᠷᠤᠯᠴᠤᠳ ᠲᠤ  ᠦᠢᠯᠡᠴᠢᠯᠡᠪᠡ᠃ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠭᠠᠭᠴᠠᠭᠠᠷ ᠰᠠᠭᠤᠭ᠎ᠠ᠂ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠲᠤ ︽ᠨᠢᠭᠡ ᠶᠢ ᠨᠢᠭᠡ ᠬᠦᠮᠦᠨ ᠬᠠᠷᠢᠭᠤᠴᠠᠬᠤ︾ ᠮᠠᠶ᠋ᠢᠭ ᠤᠨ ᠨᠠᠰᠤᠲᠠᠳ ᠢ ᠲᠤᠰᠠᠯᠠᠬᠤ ᠦᠶᠯᠡᠴᠢᠯᠡᠭᠡ ᠶᠢ 500 ᠭᠠᠷᠤᠶ ᠤᠳᠠᠭ᠎ᠠ ᠬᠠᠩᠭᠠᠵᠤ᠂ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ 443 ᠠᠰᠠᠭᠤᠳᠠᠯ ᠢ ᠰᠢᠶᠳᠪᠦᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠠᠶᠢᠨ ᠰᠠᠶᠢᠬᠠᠨ ᠦᠷ᠎ᠠ ᠪᠦᠳᠦᠮᠵᠢ ᠤᠯᠬᠤ ᠶᠢ ᠠᠬᠢᠭᠤᠯᠪᠠ᠃ ︵ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号