ᠨᠥᠬᠦᠷᠯᠡᠯ ᠶᠡᠭᠡ ᠵᠡᠬᠡᠯᠢ ᠵᠡᠭᠡᠯᠢ ᠭᠤᠳᠤᠮᠵᠢ ︽1 + N︾ ᠵᠠᠭᠪᠤᠷ ᠢ ᠬᠡᠷᠡᠭᠵᠢᠭᠦᠯᠵᠦ᠂ ᠣᠷᠣᠨ ᠪᠦᠰᠡᠴᠢᠯᠡᠭᠰᠡᠨ ᠡᠪᠯᠡᠯ ᠤᠨ ᠠᠵᠢᠯ ᠤᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠪᠠ
ᠨᠡᠶᠢᠲᠡᠯᠡᠭᠰᠡᠨ ᠴᠠᠭ᠄
2025/5/7
     ᠨᠥᠬᠦᠷᠯᠡᠯ ᠶᠡᠭᠡ ᠵᠡᠬᠡᠯᠢ ᠵᠡᠭᠡᠯᠢ ᠭᠤᠳᠤᠮᠵᠢ ᠡᠪ ᠬᠠᠮᠳᠤ ᠵᠠᠯᠠᠭᠤᠴᠤᠳ ᠤᠨ ᠡᠪᠯᠡᠯ ᠤᠨ ᠲᠤᠭᠤᠷᠢᠭ ᠤᠨ ᠬᠤᠷᠢᠶ᠎ᠠ ᠲᠠᠢ ᠬᠤᠯᠪᠤᠭᠠᠯᠠᠨ ︽1 + N︾ ᠵᠠᠭᠪᠤᠷ ᠢ ᠰᠢᠨ᠎ᠡ ᠶᠢ ᠡᠭᠦᠳᠦᠨ ᠬᠡᠷᠡᠭᠵᠢᠭᠦᠯᠵᠦ᠂ 1 ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠡ ᠪᠠᠷ ᠭᠤᠣᠯ ᠪᠣᠯᠭᠠᠵᠤ᠂ N ᠵᠠᠯᠠᠭᠤᠴᠤᠳ ᠤᠨ ᠦᠢᠯᠡᠴᠢᠯᠡᠭᠡᠨ ᠤ ᠲᠦᠷᠦᠯ ᠵᠦᠢᠯ ᠢ ᠡᠭᠦᠳᠴᠦ᠂ ᠬᠠᠷᠢᠶ᠎ᠠ ᠣᠷᠣᠨ ᠤ ᠨᠢᠭᠡᠴᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠵᠢᠯᠴᠠᠨ ᠬᠥᠭᠵᠢᠬᠦ ᠶᠢ ᠠᠬᠢᠭᠤᠯᠪᠠ᠃ ᠨᠢᠭᠡ ᠳᠤ᠂ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭ᠎ᠠ ᠰᠢᠨ᠎ᠡ ᠰᠢᠪᠲᠤᠯᠤᠯᠲᠠ ᠲᠠᠢ ᠪᠣᠯᠪᠠ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠤᠳᠬ᠎ᠠ ᠵᠣᠬᠢᠶᠠᠯ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠲᠠᠢ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠭᠰᠠᠨ ᠪᠥᠭᠡᠳ ︽ᠰᠤᠷᠭᠠᠭᠤᠯᠢ ᠶᠢᠨ ᠭᠠᠳᠠᠨᠠᠬᠢ ᠦᠶᠯᠡᠳᠦᠯᠭᠡ ᠵᠢᠭᠠᠨ ᠰᠤᠷᠭᠠᠯᠲᠠ ᠶᠢᠨ ᠰᠠᠭᠤᠷᠢᠨ︾ ᠢ ᠫᠠᠶᠢᠰᠠ ᠡᠯᠭᠦᠨ ᠪᠠᠶᠢᠭᠤᠯᠪᠠ᠃ ᠬᠤᠶᠠᠷ ᠲᠤ᠂ ᠲᠣᠭᠲᠠᠴᠠ ᠶᠢ ᠬᠠᠮᠲᠤ ᠪᠠᠷ ᠪᠠᠶᠢᠭᠤᠯᠵᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ᠃ ᠣᠷᠣᠨ ᠪᠦᠰᠡ ᠶᠢᠨ ᠵᠠᠯᠠᠭᠤᠴᠤᠳ ᠤᠨ ᠠᠵᠢᠯ ᠤᠨ ᠬᠠᠮᠲᠤ ᠪᠠᠷ ᠪᠠᠶᠢᠭᠤᠯᠬᠤ ᠺᠣᠮᠢᠰ ᠢ ᠪᠠᠶᠢᠭᠤᠯᠵᠤ᠂ ᠬᠠᠷᠢᠶ᠎ᠠ ᠣᠷᠣᠨ ᠤ ᠬᠠᠮᠲᠤᠷᠠᠨ ᠪᠠᠶᠢᠭᠤᠯᠵᠤ ᠬᠠᠮᠲᠤ ᠪᠠᠷ ᠪᠠᠶᠢᠭᠤᠯᠬᠤ 38 ᠨᠢᠭᠡᠴᠢ ᠶᠢ ᠨᠡᠶᠢᠳᠬᠡᠵᠤ᠂ ᠡᠮᠬᠢᠯᠡᠨ ᠬᠤᠷᠢᠶᠠᠩᠭᠤᠶᠢᠯᠠᠬᠤ ᠪᠠᠷ ᠳᠠᠮᠵᠢᠨ᠂ 22 ᠵᠦᠢᠯ ᠤᠨ ᠡᠬᠢ ᠪᠠᠶᠠᠯᠢᠭ ᠤᠨ ᠨᠠᠷᠢᠨ ᠲᠠᠩᠰᠠ ᠵᠢᠴᠢ ᠬᠡᠷᠡᠭᠴᠡᠭᠡᠨ ᠤ ᠨᠠᠷᠢᠨ ᠲᠠᠩᠰᠠ ᠶᠢ ᠪᠦᠷᠢᠯᠳᠦᠬᠦᠯᠵᠤ᠂ ᠣᠷᠣᠨ ᠪᠦᠰᠡ ᠶᠢᠨ ᠡᠪᠯᠡᠯ ᠤᠨ ᠠᠵᠢᠯ ᠤᠨ ᠪᠠᠶᠢᠭᠤᠯᠤᠯᠳᠠ ᠶᠢᠨ  ᠠᠵᠢᠯ ᠤᠨ ᠰᠢᠰᠲ᠋ᠧᠮᠵᠢᠬᠦ᠂ ᠲᠦᠷᠦᠯ ᠵᠦᠢᠯᠵᠢᠬᠦᠯᠦᠨ ᠠᠵᠢᠯᠯᠠᠬᠤ ᠳᠤ ᠲᠣᠳᠣᠷᠬᠠᠢ ᠵᠢᠯᠤᠭᠤᠳᠤᠯᠭ᠎ᠠ ᠪᠠ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠃ ᠭᠤᠷᠪᠠ ᠳᠤ᠂ ᠲᠦᠷᠦᠯ ᠲᠡᠮᠳᠡᠭ ᠤᠨ ᠪᠠᠶᠢᠭᠤᠯᠤᠯᠲᠠ ᠳᠤ ᠰᠢᠨ᠎ᠡ ᠬᠢᠯᠠᠰ ᠴᠡᠭ ᠢ ᠪᠣᠶ ᠪᠣᠯᠭᠠᠪᠠ᠃ ︽ᠲᠠᠪᠤᠨ ᠦᠩᠭᠡ ᠲᠦᠷᠪᠡᠨ ᠦᠰᠦᠭᠲᠦ︾ ᠨᠥᠬᠦᠷᠯᠡᠯ ᠵᠠᠯᠠᠭᠤᠴᠤᠳ ᠤᠨ ᠠᠵᠢᠯ ᠤᠨ ᠲᠦᠷᠦᠯ ᠲᠡᠮᠳᠡᠭ ᠢ ᠰᠢᠨ᠎ᠡ ᠢ ᠡᠭᠦᠳᠦᠨ ᠨᠡᠶᠢᠳᠡᠯᠡᠵᠤ᠂ ᠵᠠᠯᠠᠭᠤᠴᠤᠳ ᠤᠨ ᠬᠥᠭᠵᠢᠯᠲᠡ ᠶᠢᠨ 22 ᠲᠦᠷᠦᠯ ᠵᠦᠢᠯ ᠢ ᠤᠬᠠᠭᠠᠯᠠᠨ ᠲᠥᠰᠦᠪᠯᠡᠵᠦ᠂ ᠠᠵᠢᠯ ᠣᠯᠭᠤᠬᠤ ᠦᠢᠯᠡᠰ ᠪᠤᠰᠬᠠᠬᠤ᠂ ᠠᠮᠤᠷ ᠲᠦᠪᠰᠢᠨ ᠤ ᠬᠥᠮᠦᠵᠢᠯ ᠵᠡᠷᠭᠡ ᠬᠦᠷᠢᠶ᠎ᠡ ᠴᠠᠷᠠᠭ᠎ᠠ ᠶᠢ ᠬᠠᠮᠤᠷᠪᠠ᠃ ᠡᠭᠦᠨ ᠳᠤ᠂ ︽ᠵᠠᠯᠠᠭᠤᠴᠤᠳ︾ ᠰᠡᠳᠬᠢᠯ ᠤᠨ ᠬᠠᠶᠢᠷ᠎ᠠ ᠬᠠᠯᠠᠮᠵᠢᠳᠤ ᠨᠠᠶᠢᠳᠠᠨ ᠬᠠᠮᠢᠶᠠᠷᠤᠭᠤᠯᠬᠤ ᠠᠩᠭᠢ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ ᠵᠠᠯᠠᠭᠤᠴᠤᠳ ᠪᠠᠭᠠᠴᠤᠳ ᠤᠨ ᠦᠶᠯᠡᠴᠢᠯᠡᠭᠡᠨ ᠤ 5 ᠲᠥᠷᠥᠯ ᠵᠦᠶᠯ ᠢ ᠭᠤᠤᠯᠳᠠᠯᠭ᠎ᠠ ᠲᠠᠢ ᠨᠡᠶᠢᠲᠡᠯᠡᠵᠦ᠂ ᠨᠡᠶᠢᠲᠡ 13 ᠲᠠᠯᠠᠪᠤᠷ ᠠᠵᠢᠯᠯᠠᠭ᠎ᠠ ᠥᠷᠨᠢᠭᠦᠯᠵᠦ᠂ 300 ᠭᠠᠷᠤᠶ ᠵᠠᠯᠠᠭᠤᠴᠤᠳ ᠪᠠᠭᠠᠴᠤᠳ ᠲᠤ ᠠᠰᠢᠭ ᠬᠦᠷᠲᠡᠭᠡᠪᠡ᠃ ︵ ᠨᠦᠬᠦᠷᠯᠡᠯ ᠵᠡᠬᠡᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号