ᠬᠥᠨᠳᠡᠯᠡᠨ ᠲᠣᠭᠤᠷᠢᠭ ︽ᠴᠡᠭ ᠱᠤᠭᠤᠮ ᠲᠠᠯ᠎ᠠ︾ ᠳᠤ ᠠᠩᠬᠠᠷᠤᠯ ᠲᠦᠪᠯᠡᠷᠡᠬᠦᠯᠵᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠤᠯᠭᠤᠪᠠ
ᠨᠡᠶᠢᠲᠡᠯᠡᠭᠰᠡᠨ ᠴᠠᠭ᠄
2025/5/7
     ᠨᠢᠭᠡ ᠳᠤ ︽ᠵᠠᠩᠭᠢᠯᠠᠭ᠎ᠠ ᠪᠦᠬᠦᠢ ᠴᠡᠭ︾ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠶᠠᠪᠤᠳᠠᠯ ᠭᠦᠶᠴᠡᠳᠬᠡᠬᠦ ᠲᠦᠭᠵᠢᠷᠡᠯ ᠤᠨ ᠴᠡᠭ ᠢ ᠬᠠᠷᠠᠯᠳᠠ ᠲᠠᠢ ᠰᠢᠢᠳᠪᠦᠷᠢᠯᠡᠪᠡ᠃ ᠶᠠᠪᠤᠴᠠ ᠶᠢ ᠳᠥᠭᠦᠮᠴᠢᠯᠡᠬᠦ᠂ ᠴᠠᠭ ᠤᠨ ᠬᠢᠵᠠᠭᠠᠷ ᠢ ᠪᠣᠭᠤᠨᠢᠰᠬᠠᠬᠤ ᠪᠠᠷ ᠠᠵᠢᠯ ᠤᠨ ᠭᠤᠤᠯᠳᠠᠯᠭ᠎ᠠ ᠪᠣᠯᠭᠠᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ︽ᠨᠢᠭᠡ ᠴᠤᠩᠬᠤᠪᠴᠢ ᠪᠠᠷ ᠣᠷᠣᠵᠤ ᠭᠠᠷᠬᠤ︾᠂ ︽ᠨᠢᠭᠡ ᠡᠭᠦᠳᠡ ᠪᠠᠷ ᠭᠥᠯᠢᠶᠡᠨ ᠠᠪᠴᠤ ᠰᠢᠶᠳᠪᠦᠷᠢᠯᠡᠬᠦ︾ ᠶᠢ ᠪᠡᠶᠡᠯᠡᠭᠦᠯᠪᠡ᠃ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ ᠶᠢ 451 ᠪᠠᠶᠢᠭᠰᠠᠨ ᠢ ᠬᠠᠰᠤᠭᠠᠳ 289 ᠪᠣᠯᠭᠠᠵᠤ᠂ ᠴᠣᠮᠬᠠᠳᠬᠠᠭᠰᠠᠨ ᠨᠣᠷᠮ᠎ᠠ 35.92% ᠲᠤ ᠬᠥᠷᠪᠡ᠃ ᠬᠤᠶᠠᠷ ᠲᠤ᠂ ︽ᠤᠯᠠᠨ ᠵᠤᠷᠪᠤᠰ ᠱᠤᠭᠤᠮ︾ ᠢ ᠨᠡᠪᠳᠡᠷᠡᠬᠦᠯᠵᠤ᠂ ᠬᠠᠮᠵᠢᠯᠴᠠᠨ ᠬᠦᠴᠦᠯᠡᠬᠦ ᠶᠢ ᠪᠡᠶᠡᠯᠡᠭᠦᠯᠪᠡ᠃ ᠰᠦᠯᠵᠢᠶᠡᠨ ᠳᠡᠭᠡᠷ᠎ᠡ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ ᠳᠡᠯᠭᠡᠷᠡᠭᠦᠯᠵᠦ᠂ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠨᠢᠭᠡ ᠰᠦᠯᠵᠢᠶ᠎ᠡ ᠪᠠᠷ ᠨᠢᠬᠡᠳᠦᠯᠳᠡᠢ ᠭᠦᠶᠴᠡᠳᠬᠡᠬᠦ ᠶᠢ ᠪᠡᠶᠡᠯᠡᠭᠦᠯᠪᠡ︔ ᠠᠬᠤᠢ ᠲᠠᠯᠠᠪᠠᠢ ᠳᠤ 14 ᠶᠡᠷᠦᠩᠬᠡᠶᠢᠯᠡᠭᠰᠡᠨ ᠦᠶᠯᠡᠴᠢᠯᠡᠭᠡᠨ ᠤ ᠴᠣᠩᠬᠤᠪᠴᠢ ᠲᠣᠬᠢᠷᠠᠭᠤᠯᠵᠤ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠲᠥᠪᠯᠡᠷᠡᠭᠦᠯᠦᠨ ᠦᠶᠯᠡᠴᠢᠯᠡᠬᠦ︾ ᠶᠢ ᠬᠡᠷᠡᠭᠵᠢᠭᠦᠯᠦᠨ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠱᠠᠲᠤ ᠠᠯᠤᠰᠯᠠᠭᠰᠠᠨ ᠲᠤᠬᠠᠶᠢᠯᠠᠭᠰᠠᠨ ᠠᠵᠢᠯ ᠢ ᠬᠠᠮᠵᠢᠯᠴᠠᠨ ᠭᠦᠶᠴᠡᠳᠬᠡᠬᠦ ᠶᠢ ᠠᠬᠢᠭᠤᠯᠵᠤ᠂ ᠨᠢᠬᠡ ᠴᠣᠩᠬᠤᠪᠴᠢ ᠶᠢᠨ ᠰᠠᠷ᠎ᠠ ᠪᠦᠷᠢ  ᠲᠡᠭᠰᠢᠳᠭᠡᠭᠡᠳ ᠬᠦᠯᠢᠶᠡᠨ ᠠᠪᠴᠣ ᠭᠦᠶᠴᠡᠳᠬᠡᠬᠦ ᠠᠵᠢᠯ ᠶᠠᠪᠤᠳᠠᠯ 2500 ᠳᠤ ᠬᠦᠷᠴᠡᠢ᠃ ᠭᠤᠷᠪᠠ ᠳᠤ᠂ ︽ᠦᠶᠯᠡᠴᠢᠯᠡᠬᠦ ᠲᠠᠯ᠎ᠠ︾ ᠶᠢ ᠥᠷᠭᠡᠳᠬᠡᠵᠦ᠂ ᠦᠶᠯᠡᠴᠢᠯᠡᠬᠦ ᠬᠡᠪᠴᠢᠶ᠎ᠡ ᠶᠢ ᠤᠷᠲᠤᠳᠬᠠᠪᠠ᠃ ᠦᠶᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ᠂ ᠤᠷᠢᠳᠴᠢᠯᠠᠨ ᠪᠣᠯᠵᠣᠬᠤ᠂ ᠦᠢᠯᠡᠴᠢᠯᠡᠬᠦ ᠴᠠᠭ ᠢ ᠤᠷᠲᠤᠳᠬᠠᠬᠤ ᠵᠡᠷᠭᠡ ᠣᠨᠴᠠᠯᠢᠭᠲᠤ ᠦᠶᠯᠡᠴᠢᠯᠡᠭᠡ ᠬᠠᠩᠭᠠᠪᠠ᠂ ᠣᠲᠣ ᠪᠣᠯᠲᠠᠯ᠎ᠠ᠂ ᠴᠠᠭ ᠤᠷᠲᠤᠳᠬᠠᠭᠰᠠᠨ ᠦᠶᠯᠡᠴᠢᠯᠡᠭᠡ ᠨᠡᠶᠢᠲᠡ 3000 ᠴᠠᠭ ᠢ ᠳᠠᠪᠠᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠳ᠋ᠠᠶᠢᠲ᠋ᠠ  ᠶᠢᠨ ᠬᠠᠮᠢᠶᠠᠷᠤᠯᠳᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号