ᠨᠢᠭᠡ ᠳᠤ᠂ ᠭᠡᠮ ᠰᠤᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ 4 ᠰᠠᠷ᠎ᠠ ᠶᠢᠨ 27 ᠤ ᠡᠳᠦᠷ᠂ | ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠬᠤᠭ ᠨᠣᠪᠰᠢ ᠶᠢ | ᠳᠠᠮᠵᠢᠭᠤᠯᠤᠨ ᠲᠡᠭᠡᠭᠡᠪᠦᠷᠢᠯᠡᠬᠦ 72 ᠥᠷᠲᠡᠭᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ 66 | ᠠᠮᠠᠷᠠᠬᠤ ᠥᠷᠥᠭᠡ᠂ 100 ᠰᠠᠭᠤᠷᠢ ᠰᠢᠯᠵᠢᠬᠡ ᠨᠡᠶᠢᠲᠡ ᠶᠢᠨ ᠵᠣᠷᠯᠣᠩ ᠢ ᠪᠠᠶᠢᠴᠠᠭᠠᠵᠤ᠂ ᠭᠠᠯ ᠤᠨᠲᠠᠷᠠᠭᠠᠭᠤᠷ | ᠬᠠᠭᠤᠴᠢᠷᠠᠭᠰᠠᠨ᠂ ᠢᠯᠡ ᠲᠠᠳᠠᠬᠰᠠᠨ ᠴᠠᠬᠢᠯᠭᠠᠨ ᠤᠳᠠᠰᠤ ᠪᠠᠷ ᠴᠠᠬᠢᠯᠭᠠᠨ ᠴᠡᠨᠡᠭᠯᠡᠬᠦ ᠵᠡᠷᠭᠡ 10 ᠭᠠᠵᠠᠷ ᠲᠠᠬᠢ | ᠬᠡᠮ ᠰᠤᠭᠤᠭ ᠢ ᠢᠯᠡᠷᠡᠭᠦᠯᠪᠡ︔ 1 ᠮᠠᠰᠢᠨ ᠲᠡᠷᠭᠡ ᠰᠡᠯᠪᠢᠨ ᠵᠠᠰᠠᠬᠤ ᠦᠶᠯᠡᠳᠪᠦᠷᠢ᠂ 55 ᠲᠡᠷᠭᠡᠨ ᠬᠥᠮᠥᠷᠭᠡ ᠳᠤ | ᠲᠤᠰᠬᠠᠶ ᠪᠠᠶᠢᠴᠠᠭᠠᠯᠲᠠ ᠬᠢᠵᠦ᠂ 2 ᠭᠠᠵᠠᠷ ᠲᠠᠬᠢ ᠠᠮᠤᠷ ᠲᠦᠪᠰᠢᠨ ᠤ ᠬᠡᠮ ᠰᠤᠭᠤᠭ ᠢ ᠪᠠᠶᠢᠴᠠᠭᠠᠨ | ᠭᠠᠷᠭᠠᠭᠰᠠᠨ ᠢ ᠴᠥᠮ ᠬᠤᠭᠤᠴᠠᠭ᠎ᠠ ᠲᠣᠭᠲᠠᠭᠠᠨ ᠴᠡᠭᠴᠡᠯᠡᠨ ᠵᠠᠰᠠᠭᠤᠯᠬᠤ ᠪᠠᠷ ᠵᠠᠷᠯᠢᠭᠳᠠᠪᠠ᠃ ᠬᠤᠶᠠᠷ ᠲᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠪᠠ᠃ ᠪᠠᠶᠢᠴᠠᠭᠠᠭᠰᠠᠨ ᠤ ᠳᠠᠷᠠᠭ᠎ᠠ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠵᠢᠴᠢ ᠰᠢᠨ ᠺᠠᠶ ᠣᠷᠴᠢᠨ ᠲᠣᠭᠤᠷᠢᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ︵ᠪᠤᠭᠤᠲᠤ︶ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ | ᠶᠠᠷᠢᠯᠴᠠᠬᠤ ᠬᠤᠷᠠᠯ ᠬᠢᠵᠦ᠂ ᠠᠶᠤᠯᠬᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ | ᠵᠢᠷᠤᠵᠤ᠂ ︽ᠨᠢᠭᠡ ᠲᠡᠷᠭᠡ ᠨᠢᠬᠡ ᠲᠡᠷᠬᠡ ᠪᠠᠷ ᠪᠠᠶᠢᠴᠠᠭᠠᠬᠤ︾ ᠲᠦᠷᠢᠮ ᠢ ᠴᠢᠩᠭ᠎ᠠ ᠬᠡᠷᠡᠭᠵᠢᠭᠦᠯᠵᠦ᠂ 60 ᠭᠠᠷᠤᠶ | ᠠᠵᠢᠯᠯᠠᠭᠤᠯᠬᠤ ᠲᠡᠷᠭᠡ ᠬᠥᠰᠬᠡ ᠶᠢᠨ ᠪᠠᠷᠢᠮᠵᠢᠶ᠎ᠠ ᠳᠤ ᠬᠥᠷᠬᠦ ᠶᠢ ᠦᠨᠡᠨ ᠬᠦ ᠪᠠᠲᠤᠯᠠᠬᠤ ᠶᠢᠨ ᠬᠠᠮᠲᠤ 24 ᠴᠠᠭ ᠢᠶᠠᠷ | ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ︵ᠬᠠᠤᠯᠢ ᠬᠡᠷᠡᠭᠵᠢᠭᠦᠯᠬᠦ ᠲᠣᠪᠴᠢᠶ᠎ᠠ︶ | |