ᠣᠶᠢᠷ᠎ᠠ ᠶᠢᠨ ᠵᠢᠯ ᠳᠤ ᠮᠠᠨ ᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ ᠤᠨ ᠪᠠᠶᠢᠳᠠᠯ ᠪᠠ | ᠬᠤᠭᠤᠯᠠᠨ ᠤ ᠪᠦᠲᠦᠴᠡ ᠢᠯᠡᠳᠲᠡ ᠰᠠᠶᠢᠵᠢᠷᠠᠵᠤ᠂ ᠢᠯᠠᠩᠭᠤᠶ᠎ᠠ ᠤᠭᠤᠷᠠᠭ᠂ ᠥᠭᠡᠬᠦ ᠪᠠ ᠨᠡᠭᠦᠷᠡᠰᠦ ᠤᠰᠤᠨ ᠤ | ᠨᠢᠭᠡᠳᠪᠦᠷᠢ ᠵᠡᠷᠭᠡ ᠭᠤᠷᠪᠠᠨ ᠲᠥᠷᠥᠯ ᠤᠨ ᠰᠢᠮ᠎ᠡ ᠲᠡᠵᠢᠭᠡᠯ ᠤᠨ ᠡᠳ᠋ ᠢ ᠰᠢᠩᠭᠡᠭᠡᠨ ᠠᠪᠬᠤ ᠬᠡᠮᠵᠢᠶ᠎ᠡ ᠨᠢ ᠢᠳᠡᠭᠡᠨ | ᠤᠮᠳᠠᠭᠠᠨ ᠤ ᠯᠠᠪᠯᠠᠯᠲᠠ ᠶᠢᠨ ᠪᠠᠷᠢᠮᠵᠢᠶ᠎ᠠ ᠳᠤ ᠦᠨᠳᠦᠰᠦᠨ ᠳᠡᠭᠡᠨ ᠬᠦᠷᠴᠡᠢ᠃ | ᠭᠡᠪᠡᠴᠦ ᠢᠳᠡᠭᠡᠨ ᠤᠮᠳᠠᠭᠠᠨ ᠤ ᠪᠦᠲᠦᠴᠡ ᠳᠤ ᠮᠥᠨ ᠯᠡ ᠵᠣᠬᠢᠰ ᠦᠭᠡᠶ ᠲᠠᠯ᠎ᠠ ᠣᠷᠣᠰᠢᠵᠤ᠂ ᠵᠢᠱᠢᠶᠡᠯᠡᠪᠡᠯ | ᠰᠦᠨ ᠤ ᠲᠥᠷᠥᠯ᠂ ᠪᠤᠷᠴᠠᠭ ᠤᠨ ᠲᠦᠷᠦᠯ ᠤᠨ ᠬᠡᠷᠡᠭᠯᠡᠯᠳᠡ ᠬᠦᠷᠦᠯᠴᠡᠬᠦ ᠦᠭᠡᠢ ᠪᠠᠶᠢᠵᠤ᠂ ᠢᠳᠡᠭᠡᠨ ᠤᠮᠳᠠᠭᠠᠨ ᠤ | ᠯᠠᠪᠯᠠᠯᠲᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠨ᠎ᠠ ᠭᠡᠵᠦ ᠵᠢᠭᠠᠵᠠᠢ᠃ ᠪᠡᠭᠡᠵᠢᠩ ᠤᠨ ᠰᠢᠶᠧ ᠾᠧ ᠡᠮᠨᠡᠯᠭᠡ ᠶᠢᠨ | ᠡᠮᠴᠢᠯᠡᠭᠡᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠢᠦᠶ ᠺᠠᠩ ᠬᠡᠯᠡᠬᠦ ᠳᠡᠭᠡᠨ᠂ ᠦᠷᠭᠦᠯᠵᠢ ᠰᠢᠷ᠎ᠠ | ᠪᠤᠷᠴᠠᠭ ᠢᠳᠡᠬᠦ ᠨᠢ ᠬᠡᠤᠬᠡᠳ ᠤᠨ ᠥᠰᠥᠯᠲᠡ ᠪᠤᠶᠢᠵᠢᠯᠲᠠ ᠳᠤ ᠠᠰᠢᠭᠲᠠᠶ᠂ ᠨᠠᠰᠤᠨ ᠳᠤ ᠭᠦᠷᠦᠭᠰᠡᠳ ᠵᠣᠬᠢᠬᠤ | ᠬᠡᠮᠵᠢᠶᠡᠨ ᠤ ᠰᠢᠷ᠎ᠠ ᠪᠤᠷᠴᠠᠭ ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠪᠠ | ᠡᠮᠡᠭᠲᠡᠶᠢᠴᠦᠳ ᠤᠨ ᠬᠥᠬᠦᠨ ᠤ ᠪᠤᠯᠴᠢᠷᠬᠠᠶ ᠶᠢᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠪᠠᠭᠠᠰᠬᠠᠵᠤ ᠪᠣᠯᠤᠨ᠎ᠠ | ᠭᠡᠳᠡᠭ ᠢ ᠭᠡᠷᠡᠴᠢᠯᠡᠵᠡᠢ᠃ | ᠪᠠᠰᠠ᠂ ᠨᠠᠰᠤᠲᠠᠶᠢᠴᠤᠳ ᠰᠢᠷ᠎ᠠ ᠪᠤᠷᠴᠠᠭ ᠵᠢᠴᠢ ᠲᠡᠭᠦᠨ ᠤ ᠪᠦᠲᠦᠭᠡᠭᠳᠡᠬᠦᠨ ᠢ ᠵᠣᠬᠢᠬᠤ ᠬᠡᠮᠵᠢᠶ᠎ᠡ ᠪᠠᠷ | ᠬᠡᠷᠡᠭᠯᠡᠬᠦ ᠨᠢ ᠴᠢᠨᠠᠷ ᠰᠠᠶᠢᠲᠠᠶ ᠤᠭᠤᠷᠠᠭ ᠢ ᠨᠥᠬᠦᠪᠥᠷᠢᠯᠡᠬᠦ ᠳᠤ ᠠᠰᠢᠭᠲᠠᠶ ᠪᠠᠶᠢᠵᠤ᠂ ᠣᠨᠴᠠᠭᠠᠶᠢᠯᠠᠨ | ᠨᠠᠰᠤᠲᠠᠶᠢᠴᠤᠳ ᠤᠨ ᠪᠤᠯᠴᠢᠩ ᠮᠢᠬ᠎ᠠ ᠰᠤᠯᠠᠷᠠᠨ ᠮᠠᠭᠤᠳᠠᠬᠤ ᠠᠰᠠᠭᠤᠳᠠᠯ ᠢ ᠰᠡᠷᠭᠡᠶᠢᠯᠡᠨ᠎ᠡ ᠭᠡᠵᠡᠢ᠃ ᠪᠤᠷᠴᠠᠭ | ᠢᠯᠡᠬᠦᠦ ᠢᠳᠡᠬᠦ ᠲᠤᠬᠠᠢ ᠢᠦᠶ ᠺᠠᠩ ᠡᠮᠴᠢ ᠰᠠᠨᠠᠭᠤᠯᠬᠤ ᠳᠠᠭᠠᠨ᠂ ᠨᠠᠰᠤᠨ ᠳᠤ ᠭᠦᠷᠦᠭᠰᠡᠳ ᠳᠤᠮᠳᠠᠴᠢ ᠪᠠᠷ | ᠡᠳᠦᠷ ᠲᠤ 15 — 25 ᠭᠷᠠᠮ ᠤᠨ ᠰᠢᠷ᠎ᠠ ᠪᠤᠷᠴᠠᠭ ᠪᠤᠶᠤ ᠵᠣᠬᠢᠬᠤ ᠬᠡᠮᠵᠢᠶᠡᠨ ᠤ ᠰᠢᠷ᠎ᠠ ᠪᠤᠷᠴᠠᠭ ᠤᠨ | ᠢᠳᠡᠭᠡᠨ ᠢ ᠢᠳᠡᠬᠦ ᠬᠡᠷᠡᠭᠲᠡᠶ᠃ ᠡᠭᠦᠨ ᠤ ᠲᠤᠯᠠᠳᠠ ᠪᠤᠷᠴᠠᠭ ᠤᠨ ᠵᠤᠲᠠᠩ᠂ ᠳ᠋ᠧᠦᠹᠦ᠋᠂ ᠳ᠋ᠧᠦᠹᠦ᠋ ᠶᠢᠨ ᠰᠢᠷᠬᠡᠭ᠂ | ᠳ᠋ᠧᠦᠹᠦ᠋ ᠶᠢᠨ ᠬᠠᠲᠠᠭᠠᠮᠠᠯ ᠵᠡᠷᠭᠡ ᠰᠢᠷ᠎ᠠ ᠪᠤᠷᠴᠠᠭ ᠪᠤᠶᠤ ᠪᠤᠷᠴᠠᠭ ᠤᠨ ᠢᠳᠡᠭᠡᠨ ᠤ ᠵᠦᠢᠯ ᠢ ᠨᠡᠮᠡᠵᠦ ᠡᠳ᠋ᠯᠡᠬᠦ ᠶᠢᠨ | ᠬᠠᠮᠲᠤ ᠭᠤᠷᠪᠠᠨ ᠡᠷᠡᠨ ᠤ ᠬᠤᠭᠤᠯᠠᠨ ᠳᠠᠭᠠᠨ ᠲᠡᠩᠴᠡᠭᠦᠬᠡᠨ ᠡᠳ᠋ᠯᠡᠪᠡᠯ ᠵᠤᠬᠢᠰᠲᠠᠢ᠃ | ᠬᠠᠷᠠᠰᠤ ᠢᠳᠡᠳᠡᠭ ᠪᠤᠶᠤ ᠰᠠᠶᠤᠤᠲᠠᠨ ᠬᠦᠮᠦᠰ ᠡᠳᠦᠷ ᠲᠤ 50 — 80 ᠭᠷᠠᠮ ᠡᠳ᠋ᠯᠡᠵᠦ ᠪᠤᠯᠤᠨ᠎ᠠ᠂ | ᠬᠠᠷᠢᠨ ᠵᠦᠪᠬᠡᠨ ᠥᠨᠳᠡᠭᠡ ᠰᠦ ᠡᠳ᠋ᠯᠡᠳᠡᠭ ᠬᠥᠮᠦᠰ ᠡᠳᠦᠷ ᠪᠦᠷᠢ 25 — 60 ᠭᠷᠠᠮ ᠢᠳᠡᠬᠦ ᠶᠢ ᠰᠠᠨᠠᠯ | ᠪᠤᠯᠭᠠᠨ᠎ᠠ ᠭᠡᠵᠡᠢ᠃ ᠰᠦ ᠨᠡᠮᠡᠬᠦ ᠲᠤᠬᠠᠶ ᠢᠦᠶ ᠺᠠᠩ ᠡᠮᠴᠢ ᠶᠢᠨ ᠦᠵᠡᠬᠦ ᠪᠠᠷ᠂ ᠨᠠᠰᠤᠨ ᠳᠤ ᠭᠦᠷᠦᠭᠰᠡᠳ ᠡᠳᠦᠷ | ᠪᠦᠷᠢ 300 ᠮᠢᠯᠢᠯᠢᠲ᠋ᠧᠷ ᠠᠴᠠ ᠳᠡᠭᠡᠭᠰᠢ ᠰᠦ ᠪᠤᠶᠤ ᠵᠣᠬᠢᠬᠤ ᠬᠡᠮᠵᠢᠶᠡᠨ ᠤ ᠴᠠᠭᠠᠨ ᠢᠳᠡᠭᠡ ᠢᠳᠡᠪᠡᠯ ᠵᠣᠬᠢᠨ᠎ᠠ᠃ | ᠠᠳᠠᠯᠢ ᠪᠤᠰᠤ ᠲᠥᠷᠥᠯ ᠤᠨ ᠰᠦᠨ ᠤ ᠲᠥᠷᠥᠯ ᠪᠤᠶᠤ ᠴᠠᠭᠠᠨ ᠢᠳᠡᠭᠡᠨ ᠢ ᠰᠣᠩᠭᠤᠵᠤ ᠪᠣᠯᠤᠨ᠎ᠠ᠃ ᠦᠨᠢᠶᠡᠨ ᠰᠦ᠂ | ᠡᠭᠡᠳᠡᠭᠰᠡᠨ ᠰᠦ᠂ ᠪᠢᠰᠢᠯᠠᠭ ᠵᠡᠷᠭᠡ ᠶᠢ ᠪᠠᠭᠲᠠᠭᠠᠨ᠎ᠠ᠂ ᠰᠦ ᠶᠢᠨ ᠰᠢᠬᠢᠷ ᠢ ᠳᠠᠭᠠᠭᠠᠬᠤ ᠦᠭᠡᠢ ᠬᠥᠮᠦᠰ ᠪᠠᠭ᠎ᠠ | ᠬᠡᠮᠵᠢᠶ᠎ᠡ ᠪᠠᠷ ᠣᠯᠠᠨ ᠤᠳᠠᠭ᠎ᠠ ᠤᠤᠭᠤᠵᠤ ᠪᠣᠯᠤᠨ᠎ᠠ᠂ ᠰᠦᠨ ᠤ ᠵᠦᠢᠯ ᠢ ᠪᠤᠰᠤᠳ ᠢᠳᠡᠭᠡᠨ ᠲᠠᠢ ᠬᠠᠮᠲᠤ ᠢᠳᠡᠪᠡᠯ | ᠵᠣᠬᠢᠨ᠎ᠠ᠂ ᠵᠢᠱᠢᠶᠡᠯᠡᠪᠡᠯ ᠰᠦᠨ ᠤ ᠵᠦᠢᠯ ᠢ ᠠᠮᠤ ᠪᠤᠳᠠᠭ᠎ᠠ᠂ ᠵᠢᠮᠢᠰ ᠨᠣᠭᠤᠭ᠎ᠠ ᠵᠡᠷᠭᠡ ᠲᠠᠢ ᠬᠤᠯᠢᠵᠤ ᠢᠳᠡᠪᠡᠯ | ᠰᠦ ᠶᠢᠨ ᠰᠢᠬᠢᠷ ᠤᠨ ᠭᠡᠳᠡᠰᠦᠨ ᠳᠠᠬᠢ ᠰᠢᠩᠭᠡᠭᠡᠯᠲᠡ ᠶᠢ ᠤᠳᠠᠭᠠᠰᠢᠷᠠᠭᠤᠯᠵᠤ᠂ ᠡᠭᠦᠨ ᠤ ᠤᠯᠠᠮ ᠢᠶᠠᠷ ᠡᠪᠡᠳᠴᠢᠨ ᠤ | ᠢᠯᠡᠷᠡᠯ ᠢ ᠨᠠᠮᠳᠠᠭᠠᠨ᠎ᠠ ᠭᠡᠵᠡᠢ᠃ |